ᠬᠤᠲᠣᠩ ᠠᠷᠠᠳ ᠶᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠣᠷᠣᠰᠢᠭᠤᠯᠤᠭ᠎ᠠ ᠶᠢᠨ ᠠᠵᠢᠯ ᠲᠥᠷᠥᠯ ᠤᠨ  ᠲᠣᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/3
    ᠬᠠᠩᠰᠢ ᠶᠢᠨ ᠡᠳᠦᠷ ᠬᠦᠷᠴᠦ ᠢᠷᠡᠬᠦ  ᠲᠠᠰᠢᠷᠠᠮ ᠢᠶᠠᠷ᠂ ᠣᠷᠣᠰᠢᠭᠤᠯᠤᠭ᠎ᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠣᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ  ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠣᠷᠣᠰᠢᠭᠤᠯᠤᠭ᠎ᠠ ᠶᠢᠨ ᠦᠢᠯᠡᠴᠢᠯᠡᠭᠡᠨ ᠤ ᠲᠠᠯ᠎ᠠ ᠪᠠᠷ ᠬᠢ ᠬᠠᠤᠯᠢ ᠶᠣᠰᠣᠨ ᠤ ᠡᠷᠬᠡ  ᠠᠰᠢᠭ ᠢ ᠦᠨᠡᠨᠬᠦ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 3  ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠦᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠣᠷᠣᠰᠢᠭᠤᠯᠤᠭ᠎ᠠ‌‍ᠶᠢᠨ ᠠᠵᠢᠯ ᠲᠥᠷᠥᠯ ᠦᠨ ᠬᠦᠷᠢᠶᠡᠨ ᠤ  ᠲᠣᠰᠬᠠᠢ ᠪᠠᠶᠢᠴᠠᠭᠠᠯᠲᠠ ᠶᠢ ᠥᠷᠨᠢᠭᠦᠯᠵᠦ᠂ ᠡᠷᠡᠭᠦᠯ ᠴᠢᠭᠢᠷᠠᠭ᠂ ᠡᠮᠬᠢ ᠵᠢᠷᠤᠮ ᠲᠠᠢ᠂ ᠲᠥᠪ ᠭᠤᠣᠯᠴᠢ ᠣᠷᠣᠰᠢᠭᠤᠯᠤᠭ᠎ᠠ ᠶᠢᠨ ᠵᠠᠬ᠎ᠠ ᠳᠡᠯᠭᠡᠭᠦᠷ ᠦᠨ ᠣᠷᠴᠢᠨ ᠲᠣᠭᠤᠷᠢᠨ ᠢ ᠪᠣᠢ ᠪᠣᠯᠭᠠᠬᠤ ᠪᠠᠷ ᠴᠢᠷᠮᠠᠶᠢᠵᠤ ᠪᠠᠶᠢᠨ᠎ᠠ᠃
    ᠡᠨᠡ ᠤᠳᠠᠭᠠᠨ ᠤ ᠲᠤᠰᠬᠠᠢ ᠪᠠᠶᠢᠴᠠᠭᠠᠯᠲᠠ ᠶᠢᠨ ᠭᠤᠣᠯᠳᠠᠯᠭ᠎ᠠ ᠶᠢ ᠣᠷᠣᠰᠢᠭᠤᠯᠭ᠎ᠠ ᠶᠢᠨ ᠬᠡᠷᠡᠭᠰᠡᠯ ᠤᠨ ᠦᠨ᠎ᠡ ᠪᠠ ᠶᠠᠰᠤ ᠴᠢᠨᠠᠷ ᠤᠨ ᠲᠣᠭᠤᠷᠢᠨ ᠳᠤ ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠣᠷᠣᠰᠢᠭᠤᠯᠭ᠎ᠠ ᠶᠢᠨ ᠬᠡᠷᠡᠭᠰᠡᠯ ᠤᠨ ᠳᠡᠯᠭᠡᠭᠦᠷ ᠤᠨ ᠪᠣᠷᠣᠯᠠᠭᠤᠯᠤᠭᠰᠠᠨ ᠴᠢᠨᠳᠠᠷ ᠤᠨ ᠬᠠᠶᠢᠷᠴᠠᠭ᠂ ᠮᠥᠩᠬᠡ ᠶᠢᠨ ᠬᠤᠪᠴᠠᠰᠤ᠂ ᠴᠠᠭᠠᠷᠢᠭᠲᠤ ᠴᠡᠴᠡᠭ ᠵᠡᠷᠭᠡ ᠲᠠᠸᠠᠷ ᠢ ᠨᠢᠭᠡᠳ ᠨᠢᠭᠡ ᠪᠠᠷ ᠪᠠᠶᠢᠴᠠᠭᠠᠵᠤ᠂ ᠦᠨ᠎ᠡ ᠬᠠᠩᠰᠢ ᠶᠢ ᠢᠯᠡ ᠬᠠᠳᠠᠭᠰᠠᠨ ᠦᠭᠡᠢ᠂ ᠦᠨ᠎ᠡ ᠬᠠᠩᠰᠢ ᠬᠡᠶᠢᠰᠪᠦᠷᠢ ᠥᠨᠳᠥᠷ ᠪᠠᠶᠢᠬᠤ ᠡᠰᠡᠬᠦ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠲᠠᠸᠠᠷ ᠤᠨ ᠶᠠᠰᠤ ᠴᠢᠨᠠᠷ ᠲᠤ ᠪᠠᠶᠢᠴᠠᠭᠠᠯᠲᠠ ᠬᠢᠵᠦ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠣᠷᠣᠰᠢᠭᠤᠯᠭ᠎ᠠ ᠶᠢᠨ ᠬᠡᠷᠡᠭᠰᠡᠯ ᠢ ᠪᠣᠷᠣᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃     ᠲᠣᠰ ᠤᠳᠠᠭᠠᠨ ᠤ ᠲᠤᠰᠬᠠᠢ ᠪᠠᠶᠢᠴᠠᠭᠠᠯᠲᠠ ᠪᠠᠷ ᠳᠡᠮᠵᠢᠨ᠂ ᠣᠷᠣᠰᠢᠭᠤᠯᠭ᠎ᠠ ᠶᠢᠨ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠵᠢᠷᠤᠮᠵᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠡᠵᠡᠩᠨᠡᠭᠴᠢᠳ ᠤᠨ ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠢ ᠴᠢᠩᠭᠠᠷᠠᠭᠤᠯᠪᠠ᠃ ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠣᠰᠢᠭᠤᠯᠭ᠎ᠠ ᠶᠢᠨ ᠠᠵᠢᠯ ᠲᠦᠷᠦᠯ ᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠣᠷᠣᠰᠢᠭᠤᠯᠭ᠎ᠠ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号