ᠡᠮᠡᠭᠲᠡᠢ ᠶᠢᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠣᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ ᠶᠠᠪᠤᠭᠳᠠᠬᠤ ᠪᠠᠷ ᠪᠤᠢ
ᠨᠡᠶᠢᠲᠡᠯᠡᠭᠰᠡᠨ ᠴᠠᠭ᠄
2025/4/3
    2025 ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠡᠮᠡᠭᠲᠡᠢ ᠶᠢᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠣᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ 2025 ᠣᠨ ᠤ 4 ᠰᠠᠷ᠎ᠠ ᠶᠢᠨ 9 ᠠᠴᠠ 13 ᠤ ᠡᠳᠦᠷ ᠪᠤᠯᠲᠠᠯ᠎ᠠ ᠭᠦᠭᠡᠬᠤᠲᠠ ᠳᠤ ᠶᠠᠪᠤᠭᠳᠠᠨ᠎ᠠ᠃     ᠰᠢᠨ᠎ᠡ ᠽᠢᠯᠠᠨᠳ᠋ ᠤᠨ ᠡᠮᠡᠭᠲᠡᠢ ᠶᠢᠨ ᠬᠥᠯ ᠪᠥᠮᠪᠦᠭᠡ ᠶᠢᠨ ᠠᠩᠭᠢ ᠨᠢᠭᠡᠨᠲᠡ 2025 FIFA ᠹᠢᠯᠢᠫᠢᠨ ᠤ ᠲᠠᠪᠤᠨ ᠬᠥᠮᠥᠨ ᠤ ᠳᠦᠷᠢᠮᠲᠦ ᠡᠮᠡᠭᠲᠡᠢ ᠶᠢᠨ ᠬᠥᠯ ᠪᠥᠮᠪᠦᠭᠡ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ ᠳᠤ ᠣᠷᠤᠯᠴᠠᠬᠤ ᠬᠢᠷᠢ ᠭᠡᠮ ᠢ ᠣᠯᠵᠤ᠂ ᠲᠤᠰ ᠠᠩᠭᠢ ᠨᠢ ᠣᠳᠣᠬᠠᠨ ᠳᠤ FIFA ᠶᠢᠨ ᠵᠢᠭᠰᠠᠭᠠᠯᠲᠠ ᠳᠤ 14 ᠳ᠋ᠦ᠋ᠭᠡᠷ  ᠲᠤ ᠣᠷᠣᠵᠤ᠂ ᠳᠤᠮᠳᠠᠳᠤ ᠤᠯᠤᠰ ᠤᠨ ᠡᠮᠡᠭᠲᠡᠢ ᠶᠢᠨ ᠬᠥᠯ ᠪᠥᠮᠪᠦᠭᠡ ᠶᠢᠨ ᠠᠩᠭᠢ 26 ᠳ᠋ᠤᠭᠠᠷ ᠲᠤ ᠵᠢᠭᠰᠠᠭᠠᠭᠳᠠᠵᠤ ᠪᠠᠶᠢᠨ᠎ᠠ᠃     ᠲᠤᠰ ᠬᠤᠶᠠᠷ ᠠᠩᠭᠢ ᠶᠢᠨ ᠤᠷᠤᠯᠳᠤᠭᠠᠨ ᠨᠢ ᠦᠵᠡᠭᠴᠢᠳ ᠪᠦᠭᠦᠨ ᠤ ᠬᠠᠷᠠᠭ᠎ᠠ ᠰᠣᠨᠣᠷ ᠢ ᠪᠠᠶᠠᠰᠬᠠᠵᠤ᠂ ᠰᠡᠳᠬᠢᠯ ᠢ ᠳᠣᠩᠰᠣᠯᠭᠠᠬᠤ ᠨᠢ ᠳᠠᠮᠵᠢᠭ ᠦᠭᠡᠢ ᠶᠤᠮ᠂ ᠬᠦᠷᠦᠯᠴᠡᠨ ᠢᠷᠡᠵᠦ ᠰᠣᠨᠢᠷᠬᠠᠭᠠᠷᠠᠢ︕     ᠤᠷᠤᠯᠳᠤᠭᠠᠨ ᠤ ᠭᠠᠵᠠᠷ᠄ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠣᠷᠳᠣᠨ     ᠤᠷᠤᠯᠳᠤᠭᠠᠨ ᠤ ᠲᠣᠬᠢᠷᠠᠭᠤᠯᠤᠯᠲᠠ᠄     ᠭᠤᠷᠪᠠᠨ ᠲᠠᠯᠠᠪᠠᠢ ᠤᠷᠤᠯᠳᠤᠭᠠᠨ ᠲᠣᠬᠢᠷᠠᠭᠤᠯᠵᠤ᠂ ᠡᠭᠦᠳᠡᠨ ᠪᠢᠯᠧᠲ ᠢ ᠤᠳᠠᠯ ᠦᠭᠡᠢ ᠬᠤᠳᠠᠯᠳᠤᠨ᠎ᠠ᠃ᠢᠷᠡᠯᠲᠡ᠄  ᠭᠦᠭᠡᠬᠤᠲᠠ ᠶᠢᠨ ᠲᠠᠮᠢᠷ ᠵᠢᠷᠭᠢᠶ᠎ᠡ ᠶᠢᠨ ᠲᠠᠪᠴᠠᠩ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号