︵ᠰᠤᠷᠪᠤᠯᠵᠢᠯᠠᠭᠴᠢ ᠢᠦᠢ ᠶᠠ ᠵᠢᠶᠦ᠋ᠨ︶ 3 ᠳ᠋ᠤᠭᠠᠷ ᠰᠠᠷ᠎ᠠ ᠶᠢᠨ 31 ᠤ ᠡᠳᠦᠷ᠂ ᠬᠥᠬᠡᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 8 ᠰᠠᠯᠠᠭ᠎ᠠ ᠮᠥᠴᠢᠷ ᠲᠠᠢ ᠬᠠᠮᠲᠤᠷᠠᠨ 2025 ᠣᠨ ᠤ | ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠬᠦ ᠵᠢᠴᠢ ᠡᠮ ᠤᠨ ᠵᠦᠢᠯ ᠤᠨ ᠮᠥᠷᠳᠡᠨ ᠪᠠᠶᠢᠴᠠᠭᠠᠬᠤ | ᠨᠣᠮᠧᠷ ᠢ ᠬᠡᠷᠡᠭᠯᠡᠨ ᠳᠠᠭᠠᠳᠬᠠᠯ ᠤᠨ ᠮᠡᠬᠡᠯᠡᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ | ᠴᠣᠬᠢᠯᠲᠠ ᠥᠭᠬᠦ ᠲᠤᠰᠬᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 9 ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ | ᠲᠠᠷᠬᠠᠭᠠᠭᠰᠠᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠠᠳᠬᠠᠯ ᠤᠨ | ᠮᠡᠬᠡᠯᠡᠯ ᠳᠤ ᠴᠢᠩᠭ᠎ᠠ ᠴᠣᠬᠢᠯᠲᠠ ᠥᠭᠴᠦ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ ᠲᠥᠰᠥᠯ︾᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠤᠯᠠᠮᠵᠢᠯᠠᠨ ᠲᠠᠷᠬᠠᠭᠠᠭᠰᠠᠨ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ ︽ᠡᠮ ᠤᠨ ᠵᠦᠢᠯ ᠤᠨ ᠮᠥᠷᠳᠡᠨ ᠪᠠᠶᠢᠴᠠᠭᠠᠬᠤ ᠨᠣᠮᠧᠷ ᠢ ᠬᠡᠷᠡᠭᠯᠡᠨ ᠡᠮ ᠤᠨ | ᠵᠦᠢᠯ ᠤᠨ ᠬᠦᠷᠢᠶᠡᠨ ᠳᠠᠬᠢ ᠳᠠᠭᠠᠳᠬᠠᠯ ᠤᠨ ᠮᠡᠬᠡᠯᠡᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ | ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠵᠢᠴᠢ ︽ᠬᠥᠬᠡᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠬᠠᠮᠢᠶᠠᠷᠤᠯᠲᠠ ᠶᠢᠨ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠬᠤ | ᠲᠥᠰᠥᠯ︾ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ 2025 ᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ | ᠵᠠᠰᠠᠬᠤ ᠠᠵᠢᠯ ᠵᠢᠴᠢ ᠡᠮ ᠤᠨ ᠵᠦᠢᠯ ᠤᠨ ᠮᠥᠷᠳᠡᠨ ᠪᠠᠶᠢᠴᠠᠭᠠᠬᠤ ᠨᠣᠮᠧᠷ ᠢ ᠬᠡᠷᠡᠭᠯᠡᠨ ᠡᠮ ᠤᠨ ᠵᠦᠢᠯ ᠤᠨ | ᠬᠦᠷᠢᠶᠡᠨ ᠳᠠᠬᠢ ᠳᠠᠭᠠᠳᠬᠠᠯ ᠤᠨ ᠮᠡᠬᠡᠯᠡᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠴᠣᠬᠢᠯᠲᠠ | ᠥᠭᠬᠦ ᠲᠤᠰᠬᠠᠢ ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠱᠠᠭᠠᠷᠳᠠᠭᠰᠠᠨ ᠨᠢ᠂ | ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠨᠡᠬᠡᠮᠵᠢᠯᠡᠨ ᠠᠪᠴᠢᠷᠠᠬᠤ ᠶᠣᠰᠣᠲᠠᠢ ᠰᠠᠭᠤᠷᠢ ᠮᠥᠩᠭᠦ ᠶᠢ | ᠡᠷᠡᠰ ᠨᠡᠬᠡᠮᠵᠢᠯᠡᠨ ᠠᠪᠴᠢᠷᠠᠵᠤ᠂ ᠵᠠᠰᠠᠭ ᠵᠠᠬᠢᠷᠭᠠᠨ ᠤ ᠰᠢᠢᠳᠬᠡᠯ ᠥᠭᠬᠦ ᠶᠣᠰᠣᠲᠠᠢ ᠶᠢ ᠨᠢ ᠡᠷᠡᠰ ᠰᠢᠢᠳᠬᠡᠨ᠂ | ᠬᠡᠯᠡᠯᠴᠡᠭᠡᠷ ᠢ ᠬᠦᠴᠦᠨ ᠦᠭᠡᠢ ᠪᠣᠯᠭᠠᠬᠤ ᠶᠣᠰᠣᠲᠠᠢ ᠶᠢ ᠨᠢ ᠡᠷᠡᠰ ᠬᠦᠴᠦᠨ ᠦᠭᠡᠢ ᠪᠣᠯᠭᠠᠵᠤ᠂ ᠬᠠᠤᠯᠢ ᠲᠣᠭᠲᠠᠭᠠᠯ | ᠶᠣᠰᠣᠭᠠᠷ ᠪᠣᠳᠠᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠪᠠᠶᠢᠳᠠᠯ ᠨᠢ ᠨᠡᠯᠢᠶᠡᠳ ᠬᠦᠨᠳᠦ ᠬᠡᠷᠡᠭ ᠲᠤ᠂ ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠥᠭᠬᠦ ᠬᠢᠷᠢ | ᠭᠡᠮ ᠤᠨ ᠬᠠᠮᠢᠶᠠᠷᠤᠯᠲᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠡᠮᠨᠡᠯᠭᠡ ᠶᠢᠨ ᠠᠵᠢᠯᠲᠠᠳ᠂ ᠬᠠᠮᠢᠶ᠎ᠠ ᠪᠦᠬᠦᠢ | ᠬᠠᠷᠢᠭᠤᠴᠠᠯᠭ᠎ᠠ ᠲᠠᠢ ᠬᠥᠮᠥᠰ ᠲᠤ ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠥᠭᠬᠦ ᠬᠢᠷᠢ ᠭᠡᠮ ᠤᠨ ᠬᠤᠪᠢ | ᠲᠡᠮᠳᠡᠭᠯᠡᠬᠦ ᠬᠠᠮᠢᠶᠠᠷᠤᠯᠲᠠ ᠬᠢᠬᠦ ᠬᠡᠷᠡᠭᠲᠡᠢ ᠭᠡᠵᠡᠢ᠃ |