3 ᠳ᠋ᠤᠭᠠᠷ ᠰᠠᠷ᠎ᠠ ᠶᠢᠨ 28 ᠤ ᠡᠳᠦᠷ ᠬᠥᠬᠡᠬᠤᠲᠠ ᠶᠢᠨ ᠵᠠᠰᠠᠮᠠᠯ ᠵᠠᠮ ᠤᠨ ᠲᠡᠭᠡᠭᠡᠪᠦᠷᠢ ᠶᠢᠨ ᠲᠥᠷᠥᠯ ᠤᠨ | ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠩᠬᠠᠳᠠᠭᠴᠢ ᠠᠵᠢᠯᠯᠠᠬᠤ ᠲᠠᠯᠠᠪᠤᠷ ᠵᠢᠩᠬᠢᠨᠢ ᠪᠠᠷ ᠠᠰᠢᠭᠯᠠᠯᠲᠠ ᠳᠤ | ᠣᠷᠣᠪᠠ᠃ ︽ᠳᠤᠮᠳᠠᠳᠤ ᠤᠯᠤᠰ • ᠬᠥᠬᠡᠬᠤᠲᠠ - ᠮᠣᠩᠭᠤᠯ ᠤᠯᠤᠰ • ᠤᠯᠠᠭᠠᠨᠪᠠᠭᠠᠲᠤᠷ︾ TIR ᠤᠯᠤᠰ ᠤᠨ | ᠲᠡᠭᠡᠭᠡᠪᠦᠷᠢ ᠶᠢᠨ ᠱᠤᠭᠤᠮ ᠠᠯᠪᠠᠨ ᠶᠣᠰᠣᠭᠠᠷ ᠨᠡᠪᠲᠡᠷᠡᠪᠡ᠃ TIR ᠡᠭᠡᠯᠵᠢ ᠶᠢᠨ ᠠᠴᠢᠶᠠᠨ ᠤ ᠮᠠᠰᠢᠨ | ᠲᠡᠷᠭᠡ ᠨᠦᠭᠦᠳ ᠢ ᠪᠧᠢ ᠰᠢᠩ ᠠᠵᠤ ᠦᠢᠯᠡᠰ ᠤᠨ ᠪᠡᠯᠡ ᠣᠷᠣᠭᠤᠯᠤᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠠᠴᠠ ᠵᠣᠬᠢᠶᠠᠨ ᠪᠠᠶᠢᠭᠤᠯᠵᠤ ᠲᠡᠭᠡᠭᠡᠪᠦᠷᠢᠯᠡᠨ ᠶᠠᠪᠤᠭᠤᠯᠵᠤ᠂ ᠶᠡᠷᠦᠩᠬᠡᠢ ᠪᠠᠷᠠᠭᠠᠨ ᠤ ᠥᠷᠲᠡᠭ ᠨᠢ 40 | ᠲᠦᠮᠡᠨ ᠲᠥᠭᠦᠷᠢᠭ ᠤᠨ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢ ᠠᠴᠢᠶᠠᠯᠠᠭᠠᠳ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠵᠠᠰᠠᠮᠠᠯ ᠵᠠᠮ ᠤᠨ ᠲᠡᠭᠡᠭᠡᠪᠦᠷᠢ ᠶᠢᠨ | ᠲᠥᠷᠥᠯ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠯᠠᠬᠤ ᠲᠠᠯᠠᠪᠤᠷ ᠢᠶᠠᠷ ᠰᠢᠭᠤᠳ ᠭᠠᠷᠭᠠᠨ | ᠶᠠᠪᠤᠭᠤᠯᠤᠭᠰᠠᠨ ᠤ ᠳᠠᠷᠠᠭ᠎ᠠ᠂ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠪᠠᠷ ᠬᠢᠯᠢ ᠠᠴᠠ ᠭᠠᠷᠴᠤ᠂ ᠮᠣᠩᠭᠤᠯ | ᠤᠯᠤᠰ ᠤᠨ ᠵᠠᠮ ᠤᠨ ᠡᠭᠦᠳᠡ ᠠᠴᠠ ᠤᠯᠠᠭᠠᠨᠪᠠᠭᠠᠲᠤᠷ ᠲᠤ ᠰᠢᠭᠤᠳ ᠬᠦᠷᠦᠨ᠎ᠡ᠂ ᠨᠠᠭᠠᠰᠢ ᠴᠠᠭᠠᠰᠢ ᠢᠷᠡᠵᠦ ᠪᠤᠴᠠᠬᠤ | ᠦᠶᠡᠯᠡᠯ ᠤᠨ ᠬᠤᠭᠤᠴᠠᠭ᠎ᠠ ᠨᠢ 3 ᠡᠳᠦᠷ ᠪᠠᠶᠢᠵᠤ᠂ ᠲᠡᠭᠡᠭᠡᠪᠦᠷᠢ ᠶᠢᠨ ᠴᠠᠭ ᠢ 200% ᠠᠴᠠ ᠳᠡᠭᠡᠭᠰᠢ ᠪᠠᠷ | ᠠᠷᠪᠢᠯᠠᠵᠤ᠂ ᠲᠡᠭᠡᠭᠡᠪᠦᠷᠢ ᠶᠢᠨ ᠵᠠᠷᠤᠳᠠᠯ ᠢ 50% ᠪᠠᠷ ᠠᠷᠪᠢᠯᠠᠬᠤ ᠪᠣᠯᠣᠨ᠎ᠠ᠃ ︵ᠬᠥᠬᠡᠬᠤᠲᠠ ᠶᠢᠨ ᠵᠠᠰᠠᠭ ᠤᠨ | ᠣᠷᠳᠣᠨ︶ | |