ᠬᠥᠬᠡᠬᠤᠲᠠ ᠶᠢᠨ 12345 ᠬᠠᠯᠠᠮᠰᠢᠯ ᠤᠲᠠᠰᠤᠨ ᠤ ᠣᠶᠤᠨᠴᠢᠯᠠᠭᠰᠠᠨ ᠬᠢᠷᠢ ᠲᠦᠪᠰᠢᠨ ᠲᠠᠰ ᠳᠡᠪᠰᠢᠪᠡ
ᠨᠡᠶᠢᠲᠡᠯᠡᠭᠰᠡᠨ ᠴᠠᠭ᠄
2025/4/7
    ︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠨᠢ᠂ ᠣᠶᠢᠷ᠎ᠠ ᠶᠢᠨ ᠡᠳᠦᠷ᠂ ᠲᠤᠰ ᠺᠣᠮᠫᠠᠨᠢ DeepSeek ᠬᠢᠮᠡᠯ ᠣᠶᠤᠨ ᠮᠡᠷᠭᠡᠵᠢᠯ ᠢ ᠬᠥᠬᠡᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠳᠤ ᠠᠮᠵᠢᠯᠲᠠᠲᠠᠢ ᠵᠠᠯᠭᠠᠵᠤ᠂ 12345 ᠬᠠᠯᠠᠮᠰᠢᠯ ᠤᠲᠠᠰᠤᠨ ᠤ ᠣᠶᠤᠨᠴᠢᠯᠠᠭᠰᠠᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠡᠢ᠃           ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠪᠦᠯᠦᠭᠯᠡᠯ ᠨᠢ ᠬᠥᠬᠡ ᠬᠤᠲᠠ ᠶᠢᠨ ᠬᠡᠷᠡᠯ ᠣᠶᠤᠨᠴᠢ ᠪᠣᠳᠣᠯᠭ᠎ᠠ ᠶᠢᠨ ᠡᠬᠢ ᠪᠠᠶᠠᠯᠢᠭ ᠲᠤ ᠲᠦᠰᠢᠭᠯᠡᠨ᠂  ᠬᠥᠬᠡᠬᠤᠲᠠ ᠶᠢᠨ 12345 ᠬᠠᠯᠠᠮᠰᠢᠯ ᠤᠲᠠᠰᠤᠨ ᠤ ᠰᠦᠯᠵᠢᠶ᠎ᠡ ᠵᠢᠴᠢ ᠰᠢᠰᠲ᠋ᠧᠮ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠪᠠᠶᠢᠭᠤᠯᠤᠭᠰᠠᠨ ᠠᠵᠢᠯ ᠤᠨ ᠡᠭᠦᠷᠭᠡ ᠶᠢᠨ ᠣᠶᠤᠨᠴᠢ ᠰᠢᠢᠳᠪᠦᠷᠢᠯᠡᠬᠦ ᠰᠢᠰᠲ᠋ᠧᠮ ᠨᠢ ᠬᠦᠰᠡᠯ ᠱᠠᠭᠠᠷᠳᠠᠯᠭ᠎ᠠ᠂ ᠣᠶᠤᠨᠴᠢ ᠳ᠋ᠦᠩᠨᠡᠯᠲᠡ᠂ ᠣᠶᠤᠨᠴᠢ ᠠᠵᠢᠯ ᠲᠥᠷᠥᠯ ᠢᠶᠠᠷ ᠬᠤᠪᠢᠶᠠᠷᠢᠯᠠᠬᠤ ᠠᠴᠠ ᠳᠠᠬᠢᠨ ᠠᠵᠢᠯ ᠤᠨ ᠡᠭᠦᠷᠭᠡ ᠶᠢ ᠨᠠᠷᠢᠯᠢᠭ ᠣᠨᠣᠴᠠᠲᠠᠢ ᠪᠠᠷ ᠪᠠᠭᠤᠯᠭᠠᠬᠤ ᠪᠥᠬᠦ ᠶᠠᠪᠤᠴᠠ ᠶᠢᠨ ᠣᠶᠤᠨᠴᠢᠯᠠᠯᠲᠠ ᠶᠢ ᠠᠮᠵᠢᠯᠲᠠ ᠲᠠᠢ ᠪᠡᠶᠡᠯᠡᠭᠦᠯᠪᠡ᠃ ᠳᠡᠰ ᠳᠡᠪᠰᠢᠭᠰᠡᠨ ᠤ ᠳᠠᠷᠠᠭᠠᠬᠢ ᠣᠶᠤᠨᠴᠢ ᠮᠡᠳᠡᠯᠭᠡ ᠶᠢᠨ ᠬᠥᠮᠥᠷᠭᠡ ᠪᠠ ᠣᠶᠤᠨᠲᠤ ᠰᠠᠭᠤᠳᠠᠯ ᠤᠨ ᠰᠢᠰᠲ᠋ᠧᠮᠵᠢ ᠨᠢ ᠬᠤᠶᠢᠰᠢᠷᠠᠯ ᠢ ᠪᠦᠲᠦᠮᠵᠢᠲᠡᠶ ᠪᠠᠭᠤᠷᠠᠭᠤᠯᠵᠤ᠂ ᠲᠤᠭ᠎ᠠ ᠪᠠᠷᠢᠮᠲᠠ ᠶᠢᠨ ᠳᠠᠮᠵᠢᠭᠤᠯᠬᠤ ᠬᠤᠷᠳᠤᠴᠠ ᠶᠢ ᠳᠡᠭᠡᠭᠰᠢᠯᠡᠭᠦᠯᠦᠨ᠂ ᠬᠢᠮᠡᠯ ᠤᠶᠤᠨ ᠤ ᠵᠦᠢᠴᠢᠯᠡᠯ ᠤᠨ ᠮᠡᠷᠭᠡᠵᠢᠯ ᠤᠨ ᠭᠦᠨᠵᠡᠭᠡᠢ ᠬᠡᠷᠡᠭᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠪᠣᠯᠣᠨ᠎ᠠ᠃           ᠬᠥᠬᠡᠬᠤᠲᠠ ᠶᠢᠨ 12345 ᠬᠠᠯᠠᠮᠰᠢᠯ ᠤᠲᠠᠰᠤᠨ ᠤ ᠬᠢᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ 9 ᠬᠤᠰᠢᠭᠤ ᠰᠢᠶᠠᠨ ᠲᠣᠭᠤᠷᠢᠭ ᠵᠡᠷᠭᠡ 12 ᠭᠤᠣᠯᠳᠠᠯᠭ᠎ᠠ ᠲᠠᠢ ᠰᠠᠯᠠᠭ᠎ᠠ ᠮᠥᠴᠢᠷ ᠵᠢᠴᠢ ᠭᠠᠵᠠᠷ ᠣᠷᠣᠨ ᠳᠤ ︽3 ᠮᠢᠨᠦ᠋ᠲ ᠲᠤ ᠣᠶᠤᠨᠴᠢ ᠬᠥᠮᠥᠷᠭᠡ ᠳᠤ ᠣᠷᠣᠭᠤᠯᠬᠤ︾ ᠲᠣᠭᠲᠠᠴᠠ ᠶᠢ ᠲᠤᠷᠰᠢᠨ ᠬᠡᠷᠡᠭᠵᠢᠭᠦᠯᠦᠨ᠎ᠡ᠃ ᠠᠵᠢᠯᠲᠠᠳ ᠵᠥᠪᠬᠡᠨ ᠪᠢᠴᠢᠭ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ 3 ᠮᠢᠨᠦ᠋ᠲ ᠤᠨ ᠳᠣᠲᠣᠷ᠎ᠠ ᠲᠥᠷᠥ ᠶᠢᠨ ᠪᠣᠳᠣᠯᠭ᠎ᠠ ᠶᠢ ᠵᠠᠳᠠᠯᠵᠤ ᠬᠢᠨᠠᠨ ᠬᠠᠷᠭᠤᠭᠤᠯᠵᠤ ᠬᠥᠮᠥᠷᠭᠡ ᠳᠤ ᠣᠷᠣᠭᠤᠯᠬᠤ ᠶᠢ ᠪᠡᠶᠡᠯᠡᠭᠦᠯᠵᠦ᠂ ᠥᠨᠳᠥᠷ ᠳᠠᠪᠲᠠᠮᠵᠢᠲᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠣᠨᠣᠪᠴᠢ ᠶᠢᠨ ᠬᠡᠮᠵᠢᠶ᠎ᠡ 90 % ᠶᠢ ᠳᠠᠪᠠᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号