ᠵᠦᠩ ᠱᠠᠨ ᠪᠠᠷᠠᠭᠤᠨ ᠵᠠᠮ ᠤᠨ ᠨᠡᠶᠢᠭᠡᠮ ᠲᠣᠭᠤᠷᠢᠭ ᠰᠠᠭᠤᠭᠠᠯᠢ ᠠᠷᠠᠳ ᠢ ᠬᠠᠮᠵᠢᠨ ᠥᠨᠳᠥᠷ ᠨᠠᠰᠤᠨ ᠤ ᠨᠥᠬᠦᠪᠦᠷᠢ ᠮᠥᠩᠭᠦ ᠣᠯᠭᠤᠨ᠎ᠠ
ᠨᠡᠶᠢᠲᠡᠯᠡᠭᠰᠡᠨ ᠴᠠᠭ᠄
2025/4/8
    ᠥᠨᠳᠥᠷ ᠨᠠᠰᠤᠨ ᠤ ᠨᠥᠬᠦᠪᠦᠷᠢ ᠮᠥᠩᠭᠦ ᠪᠣᠯ ᠤᠯᠤᠰ ᠤᠨ ᠠᠷᠠᠳ ᠲᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠨᠢᠭᠡ ᠮᠥᠨ᠂ ᠡᠨᠡ ᠬᠦ ᠠᠵᠢᠯ ᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ ᠴᠠᠭ ᠲᠤᠬᠠᠢ ᠳᠤ ᠨᠢ ᠨᠥᠬᠦᠪᠦᠷᠢ ᠥᠭᠬᠦ ᠬᠠᠷᠠᠭᠠᠯᠵᠠᠯ ᠬᠦᠷᠲᠡᠭᠡᠨ᠎ᠡ᠃ ᠣᠶᠢᠷ᠎ᠠ ᠳᠤ᠂ ᠵᠥᠩ ᠱᠠᠨ ᠪᠠᠷᠠᠭᠤᠨ ᠵᠠᠮ ᠤᠨ ᠨᠡᠶᠢᠭᠡᠮ ᠲᠣᠭᠤᠷᠢᠭ ᠥᠨᠳᠥᠷ ᠨᠠᠰᠤᠨ ᠤ ᠨᠥᠬᠦᠪᠦᠷᠢ ᠮᠥᠩᠭᠦ ᠶᠢ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠥᠷᠨᠢᠭᠦᠯᠪᠡ᠃
    ᠭᠦᠢᠴᠡᠳᠬᠡᠬᠦ ᠶᠠᠪᠤᠴᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠨᠠᠰᠤᠲᠠᠶᠢᠴᠤᠳ ᠪᠣᠯᠣᠨ ᠭᠡᠷ ᠪᠦᠯᠢ ᠶᠢᠨ  ᠬᠢᠨ ᠳᠤ ᠥᠨᠳᠥᠷ ᠨᠠᠰᠤᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢᠨ ᠠᠭᠤᠯᠭ᠎ᠠ᠂ ᠣᠯᠭᠤᠬᠤ ᠪᠠᠷᠢᠮᠵᠢᠶ᠎ᠠ ᠵᠢᠴᠢ ᠭᠤᠶᠤᠴᠢᠯᠠᠭᠠᠳ ᠠᠮᠵᠢᠯᠲᠠ ᠣᠯᠣᠭᠰᠠᠨ ᠤ ᠳᠠᠷᠠᠭᠠᠬᠢ ᠳᠠᠩᠰᠠᠨ ᠳᠤ ᠣᠷᠣᠬᠤ ᠴᠠᠭ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠨᠠᠷᠢᠨ ᠲᠠᠶᠢᠯᠪᠤᠷᠢᠯᠠᠭᠰᠠᠨ ᠪᠥᠭᠡᠳ ᠨᠠᠰᠤᠲᠠᠨ ᠤ ᠳᠤᠷᠠᠳᠤᠭᠰᠠᠨ ᠠᠰᠠᠭᠤᠯᠲᠠ ᠨᠢᠭᠡᠪᠦᠷᠢ ᠳᠤ ᠬᠦᠯᠢᠴᠡᠩᠭᠦᠢ ᠨᠠᠷᠢᠨ ᠨᠢᠮᠪᠠᠢ ᠬᠠᠷᠢᠭᠤᠯᠲᠠ ᠥᠭᠴᠦ᠂ ᠨᠠᠰᠤᠲᠠᠨ ᠤ ᠪᠦᠬᠦ ᠭᠤᠶᠤᠴᠢᠯᠠᠬᠤ ᠶᠠᠪᠤᠴᠠ ᠶᠢᠨ ᠲᠤᠬᠠᠢ ᠲᠣᠳᠣᠷᠬᠠᠢ ᠣᠶᠢᠯᠠᠭᠠᠯᠲᠠ ᠲᠠᠢ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠠᠵᠢᠯᠲᠠᠳ ᠨᠠᠰᠤᠲᠠᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠵᠡᠷᠭᠡ ᠬᠠᠮᠢᠶ᠎ᠠ ᠪᠦᠬᠦᠢ ᠦᠨᠡᠮᠯᠡᠯ ᠤᠨ ᠮᠡᠳᠡᠭᠡ ᠵᠠᠩᠭᠢ ᠶᠢ ᠨᠠᠷᠢᠨ ᠬᠢᠨᠠᠮᠠᠭᠠᠢ ᠬᠠᠷᠭᠤᠭᠤᠯᠤᠭᠰᠠᠨ ᠪᠥᠭᠡᠳ ᠲᠤᠬᠠᠢ ᠶᠢᠨ ᠲᠠᠯᠠᠪᠤᠷ ᠲᠤ ᠨᠠᠰᠤᠲᠠᠳ ᠲᠤ ᠬᠡᠷᠡᠯ ᠵᠢᠷᠤᠭ ᠴᠤᠭᠯᠠᠭᠤᠯᠵᠤ᠂ ᠭᠤᠶᠤᠴᠢᠯᠠᠯ ᠤᠨ ᠬᠦᠰᠦᠨᠦᠭᠲᠦ ᠲᠠᠭᠯᠠᠭᠰᠠᠨ ᠪᠠᠶᠢᠨ᠎ᠠ᠃     ᠬᠤᠶᠢᠰᠢᠳᠠ ᠵᠦᠩ ᠱᠠᠨ ᠪᠠᠷᠠᠭᠤᠨ ᠵᠠᠮ ᠤᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ︽ᠬᠥᠮᠥᠨ ᠢᠶᠠᠷ ᠦᠨᠳᠦᠰᠦ ᠪᠣᠯᠭᠠᠵᠤ᠂ ᠦᠢᠯᠡᠴᠢᠯᠡᠭᠡ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠣᠨᠴᠠᠭᠠᠢ ᠬᠠᠮᠲᠤᠯᠢᠭ ᠢ ᠦᠷᠭᠦᠯᠵᠢᠯᠡᠨ ᠬᠠᠪᠰᠤᠷᠴᠤ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠬᠤ ᠪᠣᠯᠣᠨ᠎ᠠ᠃ ᠦᠢᠯᠡᠴᠢᠯᠡᠭᠡᠨ ᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠤᠬᠠᠮᠰᠠᠷ ᠠᠴᠠ ᠪᠠᠨ ᠦᠢᠯᠡᠴᠢᠯᠡᠬᠦ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ᠂ ᠥᠨᠳᠥᠷ ᠪᠦᠲᠦᠮᠵᠢᠲᠡᠶ ᠪᠠᠷ ᠦᠢᠯᠡᠴᠢᠯᠡᠬᠦ ᠶᠢ ᠠᠵᠢᠯ ᠤᠨ ᠬᠡᠪ ᠤᠨ ᠪᠠᠶᠢᠳᠠᠯ ᠪᠣᠯᠭᠠᠵᠤ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号