ᠬᠥᠬᠡᠬᠤᠲᠠ ᠳᠤ ᠳᠥᠷᠪᠡᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠰᠢᠨ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2025/4/9
    ︵ᠰᠤᠷᠪᠤᠯᠵᠢᠯᠠᠭᠴᠢ ᠦ᠋ ᠽᠢ ᠰᠢᠤᠸᠠᠨ︶ ᠰᠤᠷᠪᠤᠯᠵᠢᠯᠠᠭᠴᠢ ᠣᠶᠢᠷ᠎ᠠ ᠳᠤ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ 2025 ᠣᠨ ᠳᠤ ᠬᠥᠬᠡᠬᠤᠲᠠ ᠶᠢᠨ ᠠᠩᠬᠠᠳᠠᠭᠴᠢ ᠪᠦᠯᠦᠭ 4 ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠠᠮᠵᠢᠯᠲᠠ ᠲᠠᠢ ᠳᠠᠩᠰᠠᠯᠠᠭᠤᠯᠬᠤ ᠶᠢ ᠳᠠᠭᠠᠯᠳᠤᠨ᠂ ᠮᠠᠨ ᠤ ᠬᠤᠲᠠ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠶᠡᠷᠦᠩᠬᠡᠢ ᠲᠤᠭ᠎ᠠ ᠨᠢᠭᠡᠨᠲᠡ 10 ᠪᠣᠯᠪᠠ ︵ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ 6 ᠪᠣᠢ︶᠃ 4 ᠲᠤᠷᠰᠢᠯᠲᠠ ᠶᠢᠨ ᠲᠠᠰᠤᠭ ᠨᠢ ᠲᠤᠰ ᠲᠤᠰ᠄ ᠬᠥᠬᠡᠬᠤᠲᠠ ᠶᠢᠨ ᠳᠣᠣᠷ᠎ᠠ ᠣᠭᠲᠠᠷᠭᠤᠢ ᠶᠢᠨ ᠨᠢᠰᠦᠯᠲᠡ ᠶᠢ ᠬᠢᠨᠠᠨ ᠬᠡᠮᠵᠢᠵᠦ ᠡᠵᠡᠮᠳᠡᠬᠦ ᠠᠮᠤᠷ ᠲᠦᠪᠰᠢᠨ ᠤ ᠮᠡᠷᠭᠡᠵᠢᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠬᠥᠬᠡᠬᠤᠲᠠ ᠶᠢᠨ ᠬᠤᠲᠠ ᠶᠢᠨ ᠶᠠᠪᠤᠳᠠᠯ ᠤᠨ ᠲᠣᠭᠠᠴᠢᠯᠠᠵᠤ ᠣᠶᠤᠨᠴᠢᠯᠠᠭᠰᠠᠨ ᠰᠢᠨ᠎ᠡ ᠶᠢ ᠡᠭᠦᠳᠬᠦ ᠬᠡᠷᠡᠭᠯᠡᠭᠡᠨ ᠤ ᠲᠤᠷᠰᠢᠯᠲᠠ ᠶᠢᠨ ᠲᠠᠰᠤᠭ᠂ ᠬᠥᠬᠡᠬᠤᠲᠠ ᠶᠢᠨ ᠵᠢᠯᠣᠭᠤᠴᠢ ᠦᠭᠡᠢ ᠨᠢᠰᠬᠡᠯ ᠤᠨ ᠡᠵᠡᠮᠳᠡᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠬᠥᠬᠡᠬᠤᠲᠠ ᠶᠢᠨ ᠳᠣᠣᠷ᠎ᠠ ᠣᠭᠲᠠᠷᠭᠤᠢ ᠶᠢᠨ ᠭᠠᠵᠠᠷ ᠵᠦᠢ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号