ᠲᠦᠷᠦᠭᠦᠬᠡᠨ᠂ ᠥᠪᠥᠷ ᠮᠣᠩᠭᠤᠯ ᠤᠨ ᠷᠦᠢ ᠱᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠵᠢᠩᠬᠢᠨᠢ ᠪᠠᠷ | ᠪᠠᠶᠢᠭᠤᠯᠤᠭᠳᠠᠪᠠ᠃ | ᠷᠦᠢ ᠱᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠨᠢ ᠠᠨᠠᠭᠠᠬᠤ ᠤᠬᠠᠭᠠᠨ ᠤ ᠰᠤᠳᠤᠯᠭᠠᠨ ᠪᠠ ᠲᠤᠷᠰᠢᠯᠲᠠ | ᠬᠥᠭᠵᠢᠯᠲᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠬᠤᠰᠢᠭᠤᠷᠠᠯ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶ᠎ᠡ ᠬᠡᠪᠴᠢᠶ᠎ᠡ ᠶᠢ ᠬᠠᠮᠤᠷᠬᠤ ᠪᠠᠷ ᠪᠠᠷᠠᠬᠤ ᠦᠭᠡᠢ᠂ ᠪᠠᠰᠠ ᠮᠠᠯ ᠤᠨ ᠡᠮ ᠤᠨ ᠦᠢᠯᠡᠳᠪᠦᠷᠢᠯᠡᠯ | ᠪᠠ ᠡᠵᠡᠩᠨᠡᠯᠲᠡ ᠳᠤ ᠬᠤᠯᠪᠣᠭᠳᠠᠬᠤ ᠶᠢᠨ ᠬᠠᠮᠲᠤ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠢᠳᠡᠪᠬᠢᠲᠡᠢ ᠨᠡᠭᠡᠭᠡᠵᠦ᠂ ︽ᠰᠢᠨᠵᠢᠯᠡᠬᠦ ᠤᠬᠠᠭᠠᠨ ᠤ ᠰᠤᠳᠤᠯᠭᠠᠨ ᠤ | ᠰᠢᠨ᠎ᠡ ᠶᠢ ᠡᠭᠦᠳᠬᠦ + ᠠᠵᠤ ᠦᠢᠯᠡᠰ ᠤᠨ ᠤᠯᠠᠷᠢᠭᠤᠯᠤᠯᠲᠠ + ᠣᠯᠠᠨ ᠤᠯᠤᠰ ᠤᠨ ᠬᠠᠮᠲᠤᠷᠠᠯᠴᠠᠭ᠎ᠠ︾ ᠶᠢᠨ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ᠃ | ᠷᠦᠢ ᠫᠦ᠋ ᠠᠮᠢᠳᠤ ᠪᠣᠳᠠᠰ ᠤᠨ ᠪᠦᠬᠦ ᠪᠡᠯᠡᠲᠦ ᠳᠠᠭᠠᠯᠲᠠ ᠺᠣᠮᠫᠠᠨᠢ ᠪᠣᠯᠤᠭᠰᠠᠨ ᠤ ᠬᠤᠪᠢ ᠳᠤ᠂ ᠷᠦᠢ ᠱᠢ | ᠠᠮᠢᠳᠤ ᠪᠣᠳᠠᠰ ᠨᠢ ᠪᠡᠯᠡᠳᠬᠡᠬᠦ ᠱᠠᠲᠤᠨ ᠠᠴᠠ ᠪᠠᠨ ᠬᠥᠭᠵᠢᠯᠲᠡ ᠶᠢᠨ ᠠᠷᠭ᠎ᠠ ᠵᠠᠮ ᠢᠶᠠᠨ ᠥᠨᠳᠥᠷ ᠡᠬᠢᠯᠡᠯᠲᠡ ᠲᠠᠢ | ᠲᠥᠯᠥᠪᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠤ᠂ ᠠᠨᠠᠭᠠᠬᠤ ᠤᠬᠠᠭᠠᠨ ᠪᠣᠯᠣᠨ ᠬᠥᠳᠡᠭᠡ | ᠠᠵᠤ ᠠᠬᠤᠢ ᠶᠢᠨ ᠬᠤᠶᠠᠷ ᠶᠡᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠦᠷᠦᠯ ᠤᠨ ᠮᠡᠷᠭᠡᠵᠢᠯ ᠤᠨ | ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ | ᠬᠡᠷᠡᠭᠯᠡᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠠᠵᠤ ᠦᠢᠯᠡᠰ ᠤᠨ ᠡᠵᠡᠩᠨᠡᠯᠲᠡ ᠶᠢᠨ ᠲᠠᠯ᠎ᠠ ᠪᠠᠷ᠂ | ᠮᠠᠯ ᠤᠨ ᠡᠮ ᠦᠢᠯᠡᠳᠪᠦᠷᠢᠯᠡᠬᠦ ᠪᠠ ᠡᠵᠡᠩᠨᠡᠬᠦ ᠲᠤᠬᠠᠶᠢᠯᠠᠭᠰᠠᠨ ᠠᠵᠢᠯ ᠨᠢ ᠷᠦᠢ ᠫᠦ᠋ ᠠᠮᠢᠳᠤ ᠪᠣᠳᠠᠰ ᠤᠨ | ᠮᠡᠷᠭᠡᠵᠢᠯ ᠤᠨ ᠬᠤᠷᠠᠮᠳᠤᠭᠤᠯᠤᠯ ᠪᠠ ᠵᠠᠬ᠎ᠠ ᠳᠡᠯᠭᠡᠭᠦᠷ ᠤᠨ ᠲᠣᠣᠷ ᠰᠦᠯᠵᠢᠶ᠎ᠡ ᠳᠤ ᠲᠦᠰᠢᠭᠯᠡᠨ᠂ ᠭᠤᠣᠯᠯᠠᠬᠤ | ᠥᠷᠢᠰᠦᠯᠳᠦᠬᠦ ᠬᠦᠴᠦᠨ ᠲᠠᠢ ᠦᠢᠯᠡᠳᠬᠦᠨ ᠢ ᠪᠣᠶ ᠪᠣᠯᠭᠠᠨ᠎ᠠ᠃ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶ᠎ᠠ ᠨᠢ ᠺᠣᠮᠫᠠᠨᠢ ᠳᠤ ᠤᠯᠠᠨ ᠤᠯᠤᠰ ᠤᠨ ᠵᠠᠬ᠎ᠠ ᠳᠡᠯᠭᠡᠭᠦᠷ ᠢ ᠬᠤᠯᠪᠣᠭᠰᠠᠨ | ᠬᠥᠭᠦᠷᠭᠡ ᠶᠢ ᠪᠠᠶᠢᠭᠤᠯᠵᠤ᠂ ᠴᠢᠨᠠᠷ ᠰᠠᠶᠢᠲᠠᠢ ᠦᠢᠯᠡᠳᠬᠦᠨ ᠤ ︽ᠭᠠᠳᠠᠭᠰᠢ ᠭᠠᠷᠬᠤ︾᠂ ᠲᠡᠷᠢᠭᠦᠨ ᠤ ᠮᠡᠷᠭᠡᠵᠢᠯ ᠢ | ︽ᠣᠷᠣᠭᠤᠯᠤᠨ ᠠᠪᠴᠢᠷᠠᠬᠤ︾ ᠳᠤ ᠬᠦᠴᠦᠨ ᠨᠡᠮᠡᠷᠢᠯᠡᠨ᠎ᠡ᠃ | ᠲᠣᠰ ᠤᠳᠠᠭ᠎ᠠ ᠷᠦᠢ ᠱᠢ ᠠᠮᠢᠳᠤ ᠪᠣᠳᠠᠰ ᠤᠨ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ | ᠲᠣᠭᠤᠷᠢᠭ ᠲᠤ ᠰᠠᠭᠤᠷᠢᠰᠢᠭᠰᠠᠨ ᠨᠢ ᠠᠵᠤ ᠠᠬᠤᠶᠢᠯᠠᠯ ᠤᠨ ᠲᠣᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢᠨ ᠴᠢᠬᠤᠯᠠ ᠨᠢᠭᠡ ᠠᠯᠬᠤᠮ ᠪᠣᠯᠬᠤ ᠪᠠᠷ ᠪᠠᠷᠠᠬᠤ ᠦᠭᠡᠢ᠂ ᠬᠤᠷᠢᠨᠭᠡᠷ ᠰᠦ ᠶᠢᠨ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠠᠵᠤ | ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ ᠶᠢᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠬᠠᠩᠭᠠᠵᠤ᠂ ᠮᠠᠨ ᠤ ᠤᠯᠤᠰ ᠤᠨ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠳᠠᠪᠰᠢᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ | ᠡᠷᠭᠦᠬᠦ ᠪᠣᠯᠣᠨ᠎ᠠ᠃ ︵ᠯᠢ ᠬᠠᠢ ᠵᠧᠨ ᠬᠠᠨ ᠰᠢᠨ ᠮᠧᠢ︶ |