︵ᠰᠤᠷᠪᠤᠯᠵᠢᠯᠠᠭᠴᠢ ᠶᠦᠨ ᠶᠠᠨ ᠹᠠᠩ︶ 5 ᠳ᠋ᠤᠭᠠᠷ ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ | ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ | ᠨᠢ᠂ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ᠂ ᠬᠥᠬᠡᠬᠤᠲᠠ ᠶᠢᠨ | ᠭᠠᠵᠠᠷ ᠳᠣᠣᠷᠠᠬᠢ ᠲᠡᠮᠦᠷ ᠵᠠᠮ ᠤᠨ ᠲᠣᠣᠷ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠪᠠᠷᠤᠭ 120 ᠲᠦᠮᠡᠨ | ᠬᠥᠮᠥᠨ ᠤᠳᠠᠭ᠎ᠠ ᠬᠦᠷᠴᠦ᠂ ᠡᠳᠦᠷ ᠪᠦᠷᠢ ᠳᠤᠮᠳᠠᠴᠢ ᠪᠠᠷ ᠪᠠᠷᠤᠭ 24 ᠲᠦᠮᠡᠨ ᠬᠥᠮᠥᠨ ᠤᠳᠠᠭ᠎ᠠ ᠬᠦᠷᠴᠦ᠂ ᠭᠠᠵᠠᠷ | ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠤᠨ ᠲᠡᠭᠡᠭᠡᠪᠦᠷᠢ ᠶᠢᠨ ᠬᠡᠮᠵᠢᠶ᠎ᠡ ᠲᠡᠩᠴᠡᠭᠦᠷᠢᠲᠡᠢ ᠪᠠᠶᠢᠵᠤ᠂ ᠡᠯ᠎ᠡ | ᠬᠠᠷᠢᠶ᠎ᠠ ᠥᠷᠲᠡᠭᠡᠨ ᠤ ᠠᠶᠠᠨᠴᠢᠳ ᠤᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠲᠣᠭᠲᠠᠭᠤᠨ ᠪᠥᠭᠡᠳ ᠡᠮᠬᠢ | ᠵᠢᠷᠤᠮ ᠲᠠᠢ᠃ | ᠣᠶᠢᠯᠠᠭᠠᠭᠰᠠᠨ ᠢᠶᠠᠷ᠂ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠭᠠᠵᠠᠷ ᠳᠣᠣᠷᠠᠬᠢ | ᠲᠡᠮᠦᠷ ᠵᠠᠮ ᠤᠨ ᠣᠷᠣᠵᠤ ᠭᠠᠷᠤᠭᠰᠠᠨ ᠠᠶᠠᠨᠴᠢᠳ ᠨᠡᠯᠢᠶᠡᠳ ᠤᠯᠠᠨ ᠥᠷᠲᠡᠭᠡ ᠳᠤ ᠵᠥᠩ ᠱᠠᠨ ᠵᠠᠮ ᠤᠨ ᠥᠷᠲᠡᠭᠡ᠂ | ᠰᠢᠨᠬᠤᠸᠠ ᠲᠠᠯᠠᠪᠠᠶ ᠥᠷᠲᠡᠭᠡ᠂ ᠬᠥᠬᠡᠬᠤᠲᠠ ᠶᠢᠨ ᠵᠡᠭᠦᠨ ᠥᠷᠲᠡᠭᠡ᠂ ᠬᠥᠬᠡᠬᠤᠲᠠ ᠥᠷᠲᠡᠭᠡ᠂ ᠥᠪᠥᠷ ᠮᠣᠩᠭᠤᠯ ᠤᠨ | ᠮᠦᠽᠧᠢ ᠶᠢᠨ ᠦᠷᠲᠡᠭᠡ᠂ ᠳ᠋ᠦᠩ ᠶᠢᠩ ᠵᠠᠮ ᠥᠷᠲᠡᠭᠡ ᠵᠡᠷᠭᠡ ᠪᠣᠶ᠃ ᠳᠡᠭᠡᠷ᠎ᠡ ᠳᠤᠷᠠᠳᠤᠭᠰᠠᠨ 6 ᠲᠡᠷᠭᠡᠨ ᠥᠷᠲᠡᠭᠡ | ᠨᠢ ᠭᠤᠣᠯ ᠪᠣᠯᠬᠤ ᠬᠤᠳᠠᠯᠳᠤᠭᠠᠨ ᠤ ᠲᠣᠭᠤᠷᠢᠭ ᠤᠨ ᠲᠡᠷᠭᠡᠨ ᠥᠷᠲᠡᠭᠡ ᠪᠠ ᠵᠠᠮ ᠬᠠᠷᠢᠯᠴᠠᠭᠠᠨ ᠤ ᠬᠦᠢᠰᠦ ᠲᠡᠷᠭᠡᠨ | ᠥᠷᠲᠡᠭᠡ ᠪᠣᠯᠣᠨ᠎ᠠ᠃ 6 ᠲᠡᠷᠭᠡᠨ ᠥᠷᠲᠡᠭᠡᠨ ᠤ ᠣᠷᠣᠵᠤ ᠭᠠᠷᠤᠭᠰᠠᠨ ᠠᠶᠠᠨᠴᠢᠳ ᠤᠨ ᠬᠡᠮᠵᠢᠶ᠎ᠡ ᠨᠢ ᠨᠡᠶᠢᠲᠡ | ᠣᠷᠣᠵᠤ ᠭᠠᠷᠤᠭᠰᠠᠨ ᠠᠶᠠᠨᠴᠢᠳ ᠤᠨ ᠬᠡᠮᠵᠢᠶ᠎ᠡ ᠶᠢᠨ 41.61% ᠶᠢ ᠡᠵᠡᠯᠡᠪᠡ᠃ 5 ᠳ᠋ᠤᠭᠠᠷ ᠰᠠᠷ᠎ᠠ ᠶᠢᠨ 1 ᠤ | ᠡᠳᠦᠷ᠂ ᠭᠠᠵᠠᠷ ᠳᠣᠣᠷᠠᠬᠢ ᠲᠡᠮᠦᠷ ᠵᠠᠮ ᠤᠨ 1 ᠳ᠋ᠦ᠋ᠭᠡᠷ ᠱᠤᠭᠤᠮ ᠤᠨ ᠬᠥᠬᠡᠬᠤᠲᠠ ᠶᠢᠨ ᠵᠡᠭᠦᠨ ᠥᠷᠲᠡᠭᠡᠨ ᠤ | ᠠᠶᠠᠨᠴᠢᠳ ᠤᠨ ᠬᠡᠮᠵᠢᠶ᠎ᠡ 3.13 ᠲᠦᠮᠡᠨ ᠬᠥᠮᠥᠨ ᠤᠳᠠᠭ᠎ᠠ ᠳᠤ ᠬᠦᠷᠴᠦ᠂ ᠲᠤᠰ ᠥᠷᠲᠡᠭᠡᠨ ᠤ ᠲᠡᠦᠬᠡ ᠶᠢᠨ | ᠬᠠᠮᠤᠭ ᠥᠨᠳᠥᠷ ᠲᠡᠮᠳᠡᠭᠯᠡᠯ ᠢ ᠡᠭᠦᠳᠴᠡᠢ᠃ | ᠠᠶᠠᠨᠴᠢᠳ ᠤᠨ ᠭᠠᠵᠠᠷ ᠳᠣᠣᠷᠠᠬᠢ ᠭᠠᠯᠲᠤ ᠲᠡᠷᠭᠡᠨ ᠳᠤ ᠰᠠᠭᠤᠵᠤ ᠳᠥᠭᠦᠮ ᠳᠥᠲᠡ ᠶᠠᠪᠤᠬᠤ ᠶᠢ | ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠳᠤ 500 ᠭᠠᠷᠤᠢ ᠬᠥᠮᠥᠨ | ᠤᠳᠠᠭ᠎ᠠ ᠶᠢᠨ ᠠᠵᠢᠯᠲᠠᠨ ᠨᠡᠮᠡᠨ ᠲᠣᠬᠢᠷᠠᠭᠤᠯᠪᠠ᠃ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ | ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠨᠢ 60 ᠨᠠᠰᠤᠨ ᠠᠴᠠ ᠳᠡᠭᠡᠭᠰᠢᠬᠢ ᠠᠶᠠᠨᠴᠢᠳ ᠰᠦᠢᠳᠬᠡᠯ | ᠬᠤᠷᠢᠶᠠᠬᠤ ᠦᠭᠡᠢ ᠪᠠᠷ ᠭᠠᠵᠠᠷ ᠳᠣᠣᠷᠠᠬᠢ ᠭᠠᠯᠲᠤ ᠲᠡᠷᠭᠡᠨ ᠳᠤ ᠰᠠᠭᠤᠵᠤ ᠪᠣᠯᠣᠨ᠎ᠠ᠃ ᠪᠦᠬᠦ ᠤᠯᠤᠰ ᠤᠨ | ᠰᠤᠷᠭᠠᠭᠤᠯᠢ ᠳᠤ ᠪᠠᠶᠢᠭ᠎ᠠ ᠣᠶᠤᠲᠠᠳ ᠰᠤᠷᠤᠭᠴᠢ ᠶᠢᠨ ᠺᠠᠷᠲ ᠢᠶᠠᠷ ᠪᠢᠯᠧᠲ ᠤᠨ ᠦᠨ᠎ᠡ ᠶᠢ ᠲᠠᠪᠤ ᠪᠠᠷ ᠨᠤᠭᠤᠯᠤᠨ | ᠪᠣᠳᠣᠬᠤ ᠬᠠᠷᠠᠭᠠᠯᠵᠠᠯ ᠬᠦᠷᠲᠡᠵᠦ ᠪᠣᠯᠣᠨ᠎ᠠ᠃ ᠨᠠᠰᠤᠲᠠᠶᠢᠴᠤᠳ ᠤᠨ ᠵᠢᠰᠦ ᠪᠠᠨ ᠲᠠᠨᠢᠭᠤᠯᠵᠤ ᠲᠡᠷᠭᠡᠨ ᠳᠤ ᠰᠠᠭᠤᠬᠤ | ᠴᠢᠳᠠᠮᠵᠢ ᠶᠢ ᠤᠷᠤᠭᠰᠢᠲᠠᠢ ᠨᠡᠭᠡᠭᠡᠬᠦ᠂ ᠣᠶᠤᠲᠠᠳ ᠤᠨ ᠺᠠᠷᠲ ᠬᠢᠯᠭᠡᠬᠦ ᠳᠤ ᠳᠥᠭᠦᠮ ᠦᠵᠡᠭᠦᠯᠬᠦ ᠶᠢᠨ ᠲᠥᠯᠥᠭᠡ᠂ | ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠭᠤᠣᠯᠳᠠᠯᠭ᠎ᠠ ᠲᠠᠢ ᠲᠡᠷᠭᠡᠨ ᠥᠷᠲᠡᠭᠡᠨ ᠳᠤ ᠠᠵᠢᠯᠲᠠᠨ ᠨᠡᠮᠡᠵᠦ᠂ | ᠨᠠᠰᠤᠲᠠᠶᠢᠴᠤᠳ ᠢ ᠬᠠᠪᠰᠤᠷᠤᠨ ᠵᠢᠰᠦ ᠪᠠᠨ ᠲᠠᠨᠢᠭᠤᠯᠵᠤ ᠲᠡᠷᠭᠡᠨ ᠳᠤ ᠰᠠᠭᠤᠬᠤ ᠴᠢᠳᠠᠮᠵᠢ ᠪᠠ ᠣᠶᠤᠲᠠᠳ ᠤᠨ | ᠺᠠᠷᠲ ᠲᠦᠷᠭᠡᠨ ᠬᠢᠯᠭᠡᠬᠦ ᠳᠤ ᠬᠠᠪᠰᠤᠷᠪᠠ᠃ ᠡᠭᠦᠨ ᠤ ᠬᠠᠮᠲᠤ᠂ ᠬᠥᠬᠡᠬᠤᠲᠠ ᠥᠷᠲᠡᠭᠡ᠂ ᠬᠥᠬᠡᠬᠤᠲᠠ ᠶᠢᠨ ᠵᠡᠭᠦᠨ | ᠥᠷᠲᠡᠭᠡ᠂ ᠪᠠᠶᠠᠨ ︵ᠨᠢᠰᠬᠡᠯ ᠤᠨ ᠪᠠᠭᠤᠳᠠᠯ︶ ᠥᠷᠲᠡᠭᠡ ᠨᠢ ᠬᠥᠬᠡᠬᠤᠲᠠ ᠶᠢᠨ ᠭᠠᠯᠲᠤ ᠲᠡᠷᠭᠡᠨ ᠤ ᠥᠷᠲᠡᠭᠡ᠂ | ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ ᠥᠷᠲᠡᠭᠡ ᠵᠢᠴᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ | ᠤᠯᠤᠰ ᠤᠨ ᠨᠢᠰᠬᠡᠯ ᠤᠨ ᠪᠠᠭᠤᠳᠠᠯ ᠯᠤᠭ᠎ᠠ ᠢᠳᠡᠪᠬᠢᠲᠡᠢ ᠪᠠᠷ ᠨᠡᠪᠲᠡᠷᠡᠯᠴᠡᠵᠦ᠂ ᠬᠥᠬᠡᠬᠤᠲᠠ ᠳᠤ ᠢᠷᠡᠵᠦ ᠶᠠᠪᠤᠬᠤ | ᠭᠠᠯᠲᠤ ᠲᠡᠷᠭᠡ ᠪᠠ ᠡᠭᠡᠯᠵᠢ ᠶᠢᠨ ᠨᠢᠰᠬᠡᠯ ᠤᠨ ᠮᠡᠳᠡᠭᠡ ᠵᠠᠩᠭᠢ ᠶᠢ ᠴᠠᠭ ᠢᠮᠠᠭᠲᠠ ᠠᠩᠬᠠᠷᠴᠤ᠂ ᠬᠥᠬᠡᠬᠤᠲᠠ ᠳᠤ | ᠢᠷᠡᠵᠦ ᠶᠠᠪᠤᠬᠤ ᠠᠶᠠᠨᠴᠢᠳ ᠤᠨ ᠠᠮᠤᠷ ᠲᠦᠪᠰᠢᠨ᠂ ᠳᠥᠭᠦᠮ ᠳᠥᠲᠡ ᠶᠠᠪᠤᠵᠤ ᠰᠠᠭᠤᠬᠤ ᠶᠢ ᠪᠠᠲᠤᠯᠠᠪᠠ᠃ | |