︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠰᠢᠶᠠᠩ ᠵᠢᠶᠠᠩ ᠰᠢᠨᠵᠢᠯᠡᠬᠦ ᠤᠬᠠᠭᠠᠨ ᠮᠡᠷᠭᠡᠵᠢᠯ ᠤᠨ | ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠦᠷᠢᠨ ᠡᠵᠡᠮᠰᠢᠳᠡᠭ ᠥᠬᠢᠨ ᠺᠣᠮᠫᠠᠨᠢ ᠡᠭᠦᠯᠡᠨ | ᠰᠠᠭᠤᠷᠢ ︵ᠬᠥᠬᠡᠬᠤᠲᠠ︶ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠷᠢᠨᠭᠡᠷ ᠰᠢᠨ᠎ᠡ ᠲᠣᠭᠤᠷᠢᠭ ᠲᠤ | ᠳᠠᠩᠰᠠᠯᠠᠭᠤᠯᠤᠭᠰᠠᠨ ᠨᠢ ᠲᠣᠰ ᠠᠵᠤ ᠠᠬᠤᠶᠢᠯᠠᠯ ᠤᠨ ᠬᠤᠷᠢᠨᠭᠡᠷ ᠰᠢᠨ᠎ᠡ ᠲᠣᠭᠤᠷᠢᠭ ᠲᠤ ᠵᠢᠩᠬᠢᠨᠢ ᠪᠠᠷ | ᠰᠠᠭᠤᠷᠢᠰᠢᠭᠰᠠᠨ ᠢ ᠬᠠᠷᠠᠭᠤᠯᠵᠤ ᠪᠠᠶᠢᠨ᠎ᠠ᠃ ᠲᠣᠰ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠨᠢ ᠰᠢᠶᠠᠩ ᠵᠢᠶᠠᠩ | ᠰᠢᠨᠵᠢᠯᠡᠬᠦ ᠤᠬᠠᠭᠠᠨ ᠮᠡᠷᠭᠡᠵᠢᠯ ᠤᠨ ᠪᠥᠬᠦ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠵᠠᠩᠭᠢᠯᠠᠭ᠎ᠠ ᠶᠢᠨ ᠨᠢᠭᠡ ᠠᠯᠬᠤᠮ ᠪᠣᠯᠬᠤ ᠪᠠᠷ ᠪᠠᠷᠠᠬᠤ ᠦᠭᠡᠢ᠂ ᠨᠠᠩ ᠴᠤ ᠬᠤᠷᠢᠨᠭᠡᠷ ᠰᠢᠨ᠎ᠡ ᠲᠣᠭᠤᠷᠢᠭ ᠤᠨ | ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠪᠡ᠃ | ᠡᠭᠦᠯᠡᠨ ᠰᠠᠭᠤᠷᠢ ︵ᠬᠥᠬᠡᠬᠤᠲᠠ︶ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷᠤᠭ 10 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ | ᠬᠥᠬᠡᠬᠤᠲᠠ ᠶᠢᠨ ᠲᠤᠭ᠎ᠠ ᠪᠠᠷᠢᠮᠲᠠ ᠶᠢᠨ ᠲᠥᠪ ᠤᠨ ᠬᠦᠷᠢᠶᠡᠯᠡᠩ ᠲᠣᠭᠤᠷᠢᠭ ᠲᠤ ᠬᠤᠶᠠᠷ ᠲᠤᠭ᠎ᠠ ᠪᠠᠷᠢᠮᠲᠠ ᠶᠢᠨ | ᠲᠥᠪ ᠪᠠᠶᠢᠭᠤᠯᠵᠤ᠂ ᠲᠤᠭ᠎ᠠ ᠪᠠᠷᠢᠮᠲᠠ ᠶᠢᠨ ᠲᠥᠪ ᠤᠨ ᠴᠠᠶᠢᠶᠤᠤ ᠴᠠᠬᠢᠯᠭᠠᠨ ᠭᠠᠷᠭᠠᠬᠤ ᠲᠥᠬᠦᠭᠡᠷᠦᠮᠵᠢ᠂ ᠮᠠᠰᠢᠨ | ᠴᠠᠬᠢᠯᠭᠠᠨ ᠤ ᠲᠥᠬᠦᠭᠡᠷᠦᠮᠵᠢ᠂ ᠳᠤᠯᠠᠭᠠᠯᠠᠭ᠎ᠠ ᠰᠠᠯᠬᠢ ᠨᠡᠪᠲᠡᠷᠡᠭᠦᠯᠬᠦ ᠲᠥᠬᠦᠭᠡᠷᠦᠮᠵᠢ᠂ ᠣᠶᠤᠨᠴᠢᠯᠠᠭᠰᠠᠨ | ᠲᠥᠬᠦᠭᠡᠷᠦᠮᠵᠢ ᠵᠢᠴᠢ ᠬᠤᠶᠢᠰᠢᠳᠠ ᠶᠢᠨ ᠲᠤᠭ᠎ᠠ ᠪᠠᠷᠢᠮᠲᠠ ᠶᠢᠨ ᠲᠥᠪ ᠤᠨ ᠠᠷᠠᠴᠢᠯᠠᠵᠤ ᠬᠠᠮᠠᠭᠠᠯᠠᠬᠤ | ᠦᠢᠯᠡᠴᠢᠯᠡᠭᠡ ᠶᠢ ᠪᠠᠭᠲᠠᠭᠠᠨ᠎ᠠ᠃ ᠲᠣᠰ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ | ᠭᠠᠭᠴᠠ ᠲᠤᠭ᠎ᠠ ᠪᠠᠷᠢᠮᠲᠠ ᠶᠢᠨ ᠲᠥᠪ ᠤᠨ ᠪᠠᠭᠲᠠᠭᠠᠮᠵᠢ ᠨᠢ 30 ᠰᠠᠶ᠎ᠠ ᠸᠠᠲ ᠲᠤ ᠬᠦᠷᠴᠦ᠂ ᠦᠢᠯᠡᠳᠪᠦᠷᠢᠯᠡᠭᠰᠡᠨ | ᠪᠣᠳᠣᠯᠭ᠎ᠠ ᠶᠢᠨ ᠬᠦᠴᠦᠨ ᠤ ᠡᠬᠢ ᠪᠠᠶᠠᠯᠢᠭ ᠢ ᠬᠠᠨᠳᠤᠯᠭ᠎ᠠ ᠲᠠᠢ ᠪᠠᠷ ᠭᠠᠯᠲᠤ ᠠᠭᠤᠯᠠ ᠬᠥᠳᠡᠯᠭᠡᠭᠦᠷ ᠲᠤ ᠬᠠᠩᠭᠠᠵᠤ᠂ | ᠠᠵᠤ ᠠᠬᠤᠶᠢᠯᠠᠯ ᠤᠨ ᠬᠤᠭᠤᠷᠣᠨᠳᠣᠬᠢ ᠪᠣᠳᠣᠯᠭ᠎ᠠ ᠶᠢᠨ ᠬᠦᠴᠦᠨ ᠤ ᠬᠠᠮᠵᠢᠯᠴᠠᠭ᠎ᠠ ᠪᠠ ᠠᠮᠢ ᠠᠬᠤᠢ ᠶᠢ | ᠬᠠᠮᠲᠤ ᠪᠠᠷ ᠪᠦᠲᠦᠭᠡᠨ ᠪᠠᠶᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ᠲᠤᠭ᠎ᠠ ᠪᠠᠷᠢᠮᠲᠠ ᠶᠢᠨ ᠲᠥᠪ ᠤᠨ ᠦᠢᠯᠡᠴᠢᠯᠡᠭᠡᠨ ᠤ ᠬᠦᠷᠢᠶᠡᠨ ᠳᠤ ᠦᠨᠳᠦᠰᠦᠯᠡᠭᠡᠳ 20 ᠵᠢᠯ ᠢ | ᠳᠠᠪᠠᠭᠰᠠᠨ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠰᠢᠶᠠᠩ ᠵᠢᠶᠠᠩ | ᠰᠢᠨᠵᠢᠯᠡᠬᠦ ᠤᠬᠠᠭᠠᠨ ᠮᠡᠷᠭᠡᠵᠢᠯ ᠨᠢ IDC ᠠᠵᠢᠯ ᠲᠥᠷᠥᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢ | ᠬᠠᠮᠤᠷᠤᠭᠰᠠᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠬᠦᠷᠢᠶ᠎ᠡ ᠨᠢ | ᠦᠢᠯᠡᠳᠬᠦᠨ ᠢ ᠰᠤᠳᠤᠯᠤᠨ ᠨᠡᠭᠡᠭᠡᠬᠦ᠂ ᠰᠢᠰᠲ᠋ᠧᠮ ᠤᠨ ᠨᠡᠶᠢᠳᠬᠡᠯ᠂ ᠪᠡᠯᠡ ᠣᠷᠣᠭᠤᠯᠤᠯᠲᠠ ᠶᠢᠨ ᠡᠵᠡᠩᠨᠡᠯᠲᠡ ᠵᠢᠴᠢ | ᠡᠭᠦᠯᠡᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡ ᠵᠡᠷᠭᠡ ᠣᠯᠠᠨ ᠲᠠᠯ᠎ᠠ ᠳᠤ ᠬᠤᠯᠪᠣᠭᠳᠠᠨ᠎ᠠ᠃ ᠣᠳᠣᠬᠠᠨ ᠳᠤ᠂ | ᠰᠢᠶᠠᠩ ᠵᠢᠶᠠᠩ ᠰᠢᠨᠵᠢᠯᠡᠬᠦ ᠤᠬᠠᠭᠠᠨ ᠮᠡᠷᠭᠡᠵᠢᠯ ᠨᠢ ᠳᠣᠷᠣᠨᠠᠲᠤ ᠣᠷᠣᠨ ᠳᠤ ᠨᠢᠭᠡᠨᠲᠡ 5 ᠣᠶᠤᠨᠴᠢ ᠪᠣᠳᠣᠯᠭ᠎ᠠ ᠶᠢᠨ | ᠲᠥᠪ ᠪᠠᠶᠢᠭᠤᠯᠵᠤ᠂ ᠡᠵᠡᠩᠨᠡᠵᠦ ᠪᠠᠶᠢᠭ᠎ᠠ ᠪᠠᠷᠢᠯᠭ᠎ᠠ ᠶᠢᠨ ᠲᠠᠯᠠᠪᠠᠢ ᠨᠢ 45.5 ᠲᠦᠮᠡᠨ ᠲᠡᠭᠰᠢ ᠳᠥᠷᠪᠡᠯᠵᠢᠨ ᠮᠧᠲᠷ | ᠬᠦᠷᠴᠦ᠂ ᠡᠵᠡᠩᠨᠡᠯᠲᠡ ᠶᠢᠨ ᠬᠡᠪᠴᠢᠶ᠎ᠡ ᠨᠢ 400 ᠰᠠᠶ᠎ᠠ ᠸᠠᠲ ᠠᠴᠠ ᠳᠠᠪᠠᠵᠤ᠂ ᠦᠢᠯᠡᠴᠢᠯᠡᠭᠡᠨ ᠤ ᠲᠣᠣᠷ | ᠰᠦᠯᠵᠢᠶ᠎ᠡ ᠨᠢ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ | ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠪᠤᠰᠢᠭᠤ ᠭᠠᠷ᠂ ᠲᠢᠺ ᠲᠤᠺ᠂ ᠬᠤᠸᠠ ᠸᠧᠢ ᠵᠡᠷᠭᠡ ᠮᠠᠰᠢ ᠤᠯᠠᠨ | ᠠᠵᠢᠯ ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠢ ᠬᠠᠮᠤᠷᠴᠤ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠨᠢ | ᠪᠦᠬᠦ ᠤᠯᠤᠰ ᠢ ᠨᠥᠯᠥᠭᠡᠯᠡᠭᠰᠡᠨ ᠪᠠᠶᠢᠨ᠎ᠠ᠃ ᠲᠣᠰ ᠤᠳᠠᠭ᠎ᠠ ᠰᠢᠶᠠᠩ ᠵᠢᠶᠠᠩ ᠰᠢᠨᠵᠢᠯᠡᠬᠦ ᠤᠬᠠᠭᠠᠨ ᠮᠡᠷᠭᠡᠵᠢᠯ ᠤᠨ | ᠪᠦᠷᠢᠨ ᠡᠵᠡᠮᠰᠢᠳᠡᠭ ᠥᠬᠢᠨ ᠺᠣᠮᠫᠠᠨᠢ ᠬᠤᠷᠢᠨᠭᠡᠷ ᠰᠢᠨ᠎ᠡ ᠲᠣᠭᠤᠷᠢᠭ ᠲᠤ ᠰᠠᠭᠤᠷᠢᠰᠢᠭᠰᠠᠨ ᠨᠢ ᠶᠠᠭ ᠲᠡᠳᠡᠨ ᠤ | ᠪᠣᠯᠪᠠᠰᠤᠷᠠᠩᠭᠤᠢ ᠡᠵᠡᠩᠨᠡᠯᠲᠡ ᠶᠢᠨ ᠲᠤᠷᠰᠢᠯᠭ᠎ᠠ ᠪᠠ ᠮᠡᠷᠭᠡᠵᠢᠯ ᠤᠨ ᠳᠠᠪᠠᠭᠤᠯᠢᠭ ᠲᠤ ᠪᠠᠨ ᠲᠦᠰᠢᠭᠯᠡᠨ᠂ ᠤᠮᠠᠷᠠᠲᠤ | ᠣᠷᠣᠨ ᠤ ᠪᠣᠳᠣᠯᠭ᠎ᠠ ᠶᠢᠨ ᠬᠦᠴᠦᠨ ᠤ ᠵᠠᠬ᠎ᠠ ᠳᠡᠯᠭᠡᠭᠦᠷ ᠢ ᠨᠡᠭᠡᠭᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ | |